蒙古文白体(OpenType)

您所在的位置:网站首页 蒙古文是什么文字 蒙古文白体(OpenType)

蒙古文白体(OpenType)

2024-07-14 17:47| 来源: 网络整理| 查看: 265

    蒙古文白体

     字体名称 : Mongolian White      字体类型 : OpenType      字体编码 : UNICODE      字体版本 : 1.0      制作厂家 : 株式会社阿拉慕思(Almas Inc.)      公布日期 : 2011年11月      版权所有 : 株式会社阿拉慕思(Almas Inc.)      使用许可 : 个人用户可以免费下载使用,任何团体或个人不允许转卖或有偿给第三方。

     下载文件

     下载字体文件 : Mongolian White Font      字体PDF样本 : PDF Sample      字体样本图像 : Picture Sample

     注意:本字体是Windows Vista/7或Linux/Unix等系统 使用的字体。Windows XP和以前的Windows仍不支持OpenType字体。如果你是使用苹果公司的Mac OS X 和 iOS 请用AAT类型的字体。

ᠲᠣᠣᠷ ᠰᠦᠯᠵᠢᠶ᠎ᠡ     ᠴᠠᠬᠢᠯᠭᠠᠨ ᠭᠡᠭᠴᠢ ᠬᠠᠴᠢᠨ ᠵᠢᠭ᠍ᠲᠠᠢ ᠶᠠᠭᠤᠮ᠎ᠠ ᠬᠦᠮᠦᠨ ᠲᠥᠷᠥᠯᠬᠢᠲᠡᠨ ᠳᠤ ᠠᠰᠢᠭᠯᠠᠭᠳᠠᠵᠤ᠂ ᠪᠥᠮᠪᠥᠷᠴᠡᠭ ᠤᠨ ᠪᠦᠷᠬᠦᠭ ᠬᠠᠷᠠᠩᠭᠤᠢ ᠶᠢ ᠭᠡᠢᠢᠭᠦᠯᠵᠦ᠂ ᠦᠢᠯᠡᠳᠪᠦᠷᠢᠯᠡᠯ ᠪᠠ ᠨᠡᠢᠢᠭᠡᠮ ᠤᠨ ᠬᠥᠭᠵᠢᠯᠲᠡ ᠶᠢ ᠨᠢᠰᠬᠦ ᠮᠡᠲᠦ ᠠᠬᠢᠭᠤᠯᠤᠨ᠂ ᠬᠦᠮᠦᠨ ᠲᠥᠷᠥᠯᠬᠢᠲᠡᠨ ᠢ ᠴᠠᠬᠢᠯᠭᠠᠨᠵᠢᠯᠲᠠ ᠶᠢᠨ ᠴᠠᠭ ᠦᠶ᠎ᠡ ᠳᠦ ᠣᠷᠤᠭᠤᠯᠤᠭᠠᠳ 150 ᠭᠠᠷᠤᠢ ᠵᠢᠯ ᠪᠣᠯᠵᠤ ᠪᠠᠢᠢᠨ᠎ᠠ ᠃ ᠣᠳᠣ ᠬᠦᠮᠦᠨ ᠲᠥᠷᠥᠯᠬᠢᠲᠡᠨ ᠶᠠᠭ ᠰᠤᠷᠠᠭ ᠵᠠᠩᠬᠢᠴᠢᠯᠠᠭᠰᠠᠨ ᠴᠠᠭ ᠦᠶ᠎ᠡ ᠳᠦ ᠣᠷᠣᠵᠤ᠂ ᠲᠣᠣᠷ ᠰᠦᠯᠵᠢᠶᠡᠲᠦ ᠨᠡᠢᠢᠭᠡᠮ ᠳᠦ ᠰᠢᠯᠵᠢᠨ᠂ ᠰᠢᠨ᠎ᠡ ᠪᠣᠯᠪᠠᠰᠤᠨ ᠵᠦᠭ ᠳᠠᠪᠰᠢᠵᠦ ᠪᠠᠢᠢᠨ᠎ᠠ᠃     ᠺᠣᠮᠫᠢᠦ᠋ᠲ᠋ᠧᠷ᠂ ᠴᠢᠮᠡᠭᠡ ᠬᠣᠯᠪᠣᠭ᠎ᠠ ᠪᠠ ᠰᠤᠷᠠᠭ ᠵᠠᠩᠬᠢ ᠶᠢᠨ ᠮᠡᠷᠭᠡᠵᠢᠯ ᠶᠢᠡᠷ ᠲᠤᠯᠭᠠᠭᠤᠷᠢ ᠶᠢᠡᠨ ᠪᠣᠯᠭᠠᠭᠰᠠᠨ ᠲᠣᠣᠷ ᠰᠦᠯᠵᠢᠶ᠎ᠡ ᠨᠢ ᠢᠷᠡᠭᠡᠳᠦᠢ ᠶᠢᠨ ᠨᠡᠢᠢᠭᠡᠮ ᠦᠨ ᠬᠣᠯᠪᠣᠭᠠᠰᠤ ᠪᠣᠯᠣᠨ᠎ᠠ᠃ ᠡᠨᠡ ᠵᠦᠢᠯ ᠤᠨ ᠲᠣᠣᠷ ᠰᠦᠯᠵᠢᠶ᠎ᠡ ᠳᠡᠯᠡᠭᠡᠢ ᠶᠢᠨ ᠣᠯᠠᠨ ᠤᠯᠤᠰ ᠣᠷᠣᠨ ᠢ ᠨᠢᠭᠡ ᠯᠠ ᠴᠣᠭᠴᠠᠰ ᠪᠣᠯᠭᠠᠵᠤ᠂ ᠳᠡᠯᠡᠭᠡᠢ ᠶᠢᠨ ᠪᠥᠮᠪᠥᠷᠴᠡᠭ « ᠨᠢᠭᠡ ᠯᠡ ᠲᠣᠰᠭᠤᠨ » ᠰᠢᠭ ᠪᠣᠯᠵᠤ᠂ ᠬᠦᠮᠦᠨ ᠲᠥᠷᠥᠬᠢᠯᠲᠡᠨ ᠢ ᠬᠠᠮᠲᠤ ᠪᠡᠷ ᠬᠥᠭᠵᠢᠭᠦᠯᠦᠨ᠎ᠡ᠃ ᠪᠦᠬᠦ ᠪᠦᠮᠪᠦᠷᠴᠡᠭ ᠤᠨ ᠲᠣᠣᠷ ᠰᠦᠯᠢᠵᠢᠶ᠎ᠡ ᠶᠢᠨ ᠰᠢᠰᠲ᠋ᠧᠮ ᠨᠢ ᠡᠳᠦᠷ ᠢᠷᠡᠬᠦᠶ᠎ᠡ ᠨᠡᠮᠡᠭᠳᠡᠵᠦ ᠪᠦᠬᠦᠢ ᠲᠣᠭ᠎ᠠ ᠪᠠᠷᠢᠮᠲᠠ᠂ ᠰᠤᠷᠠᠭ ᠪᠠ ᠮᠡᠳᠡᠯᠭᠡ ᠮᠡᠳᠡᠴᠡ ᠶᠢ ᠨᠡᠩ ᠲᠦᠷᠭᠡᠨ ᠶᠢᠡᠷ ᠤᠯᠠᠮᠵᠢᠯᠠᠨ ᠰᠢᠢᠳᠪᠦᠷᠢᠯᠡᠭᠦ ᠪᠣᠯᠣᠨ᠎ᠠ᠃ ᠬᠦᠮᠦᠨ ᠲᠦᠷᠦᠯᠬᠢᠲᠡᠨ ᠤ ᠨᠡᠢᠢᠭᠡᠮ ᠳᠦ ᠠᠪᠴᠤ ᠬᠡᠯᠡᠪᠡᠯ ᠡᠨᠡ ᠪᠣᠯ ᠤᠷᠢᠳ ᠡᠮᠦᠨ᠎ᠡ ᠭᠠᠷᠤᠭ᠎ᠠ ᠦᠭᠡᠢ ᠰᠢᠨᠵᠢᠯᠡᠬᠦ ᠤᠬᠠᠭᠠᠨ ᠮᠡᠷᠭᠡᠵᠢᠯ ᠤᠨ ᠬᠣᠪᠢᠰᠬᠠᠯ ᠮᠦᠨ᠃ ᠬᠦᠮᠦᠰ ᠤᠨ ᠦᠢᠯᠡᠳᠪᠦᠷᠢᠯᠡᠯ ᠤᠨ ᠠᠷᠭ᠎ᠠ ᠮᠠᠶᠢᠭ᠂ ᠠᠵᠢᠯ ᠤᠨ ᠠᠷᠭ᠎ᠠ ᠮᠠᠶᠢᠭ᠂ ᠠᠮᠢᠳᠤᠷᠠᠯ ᠤᠨ ᠠᠷᠭ᠎ᠠ ᠮᠠᠶᠢᠭ ᠪᠠ ᠥᠷᠢᠰᠦᠯᠳᠦᠨ ᠲᠡᠮᠡᠴᠡᠬᠦ ᠠᠷᠭ᠎ᠠ ᠮᠠᠶᠢᠭ ᠢ ᠨᠣᠴᠢᠲᠠᠢ ᠨᠥᠯᠥᠭᠡᠯᠡᠬᠦ ᠪᠣᠯᠣᠨ᠎ᠠ᠃     ᠲᠣᠣᠷ ᠰᠦᠯᠵᠢᠶ᠎ᠡ ᠭᠡᠳᠡᠭ ᠢ ᠳᠥᠭᠦᠮ ᠶᠢᠡᠷ ᠬᠡᠯᠡᠪᠡᠯ ᠲᠣᠭ᠎ᠠ ᠲᠣᠮᠰᠢ ᠦᠭᠡᠢ ᠣᠯᠠᠨ ᠺᠤᠮᠫᠢᠦ᠋ᠲ᠋ᠧᠷ ᠢ ᠬᠣᠭᠤᠷᠤᠨᠳᠤ ᠨᠢ ᠬᠣᠯᠪᠣᠵᠤ ᠲᠠᠯᠪᠢᠬᠤ ᠶᠢ ᠬᠡᠯᠡᠨ᠎ᠡ᠃ ᠪᠠᠢᠢᠭᠤᠯᠭ᠎ᠠ ᠨᠢᠭᠡᠴᠢ᠂ ᠣᠷᠣᠨ ᠤ ᠳᠣᠲᠣᠷ᠎ᠠ᠂ ᠤᠯᠤᠰ ᠤᠨ ᠳᠣᠲᠣᠷ᠎ᠠ᠂ ᠴᠢᠨᠠᠭᠰᠢᠯᠠᠪᠠᠯ ᠳᠡᠯᠡᠬᠡᠢ ᠶᠢᠨ ᠣᠯᠠᠨ ᠤᠯᠤᠰ ᠬᠣᠭᠤᠷᠤᠨᠳᠤ ᠪᠡᠨ ᠺᠣᠮᠫᠢᠦ᠋ᠲ᠋ᠧᠷ ᠶᠢᠡᠷ ᠰᠢᠭᠤᠳ ᠬᠠᠷᠢᠴᠠᠬᠤ ᠶᠢ ᠬᠡᠯᠡᠨ᠎ᠡ᠃ ᠣᠳᠣ ᠳᠡᠯᠡᠬᠡᠢ ᠳᠡᠭᠡᠷ᠎ᠡ ᠨᠥᠯᠥᠭᠡ ᠪᠡᠷ ᠬᠠᠮᠤᠭ ᠤᠨ ᠶᠡᠬᠡ᠂ ᠬᠡᠷᠡᠭᠯᠡᠭᠴᠢᠳ ᠬᠠᠮᠤᠭ ᠤᠨ ᠠᠷᠪᠢᠨ᠂ ᠰᠤᠷᠠᠭ ᠵᠠᠩᠬᠢ ᠬᠠᠮᠤᠭ ᠤᠨ ᠪᠠᠶᠠᠯᠢᠭ᠂ ᠣᠯᠠᠨ ᠤᠯᠤᠰ ᠢ ᠰᠤᠨᠳᠠᠯᠠᠭᠰᠠᠨ ᠲᠣᠣᠷ ᠰᠦᠯᠵᠢᠶ᠎ᠡ ᠪᠣᠯ ᠢᠨᠲ᠋ᠧᠷᠨᠧᠲ ᠲᠣᠣᠷ ᠪᠣᠯᠤᠨ᠎ᠠ᠃ ᠡᠨᠡ ᠲᠣᠣᠷ ᠣᠳᠣ ᠳᠡᠯᠡᠬᠡᠢ ᠶᠢᠨ 100 ᠭᠠᠷᠤᠢ ᠤᠯᠤᠰ ᠣᠷᠣᠨ ᠢ ᠺᠣᠮᠫᠢᠦ᠋ᠲ᠋ᠧᠷ ᠶᠢᠡᠷ ᠬᠣᠯᠪᠣᠵᠤ ᠲᠣᠣᠷ ᠲᠤ ᠣᠷᠣᠭᠰᠠᠨ ᠡᠷᠦᠬᠡ ᠨᠢᠭᠡᠴᠢ 5 ᠳ᠋ᠦᠩᠰᠢᠭᠤᠷ ᠭᠠᠷᠤᠢ ᠪᠣᠯᠤᠭᠰᠠᠨ ᠪᠠᠢᠢᠨ᠎ᠠ᠃     ᠬᠦᠮᠦᠰ ᠲᠣᠣᠷ ᠰᠦᠯᠵᠢᠶ᠎ᠡ ᠶᠢ ᠠᠰᠢᠭᠯᠠᠵᠤ ᠲᠥᠮᠡᠨ ᠭᠠᠵᠠᠷ ᠤᠨ ᠠᠯᠤᠰ ᠲᠡᠬᠢ ᠨᠠᠢᠢᠵᠠ ᠨᠠᠷ ᠲᠠᠢ ᠪᠡᠨ « ᠰᠢᠭᠤᠳ ᠠᠭᠤᠯᠵᠠᠵᠤ » ᠰᠤᠷᠠᠭ ᠵᠠᠩᠬᠢ ᠪᠡᠨ ᠰᠣᠯᠢᠯᠴᠠᠵᠤ ᠪᠣᠯᠣᠨ᠎ᠠ᠂ ᠡᠷᠳᠡᠮ ᠰᠢᠨᠵᠢᠯᠡᠭᠡᠨ ᠤ ᠦᠵᠡᠯᠲᠡ ᠪᠡᠨ ᠵᠦᠪᠳᠡᠯᠴᠡᠵᠦ ᠪᠣᠯᠣᠨ᠎ᠠ᠂ ᠲᠣᠣᠷ ᠰᠦᠯᠵᠢᠶ᠎ᠡ ᠪᠡᠷ ᠪᠠᠰᠠ ᠡᠯ᠎ᠡ ᠵᠦᠢᠯ ᠤᠨ ᠪᠠᠷᠠᠭ᠎ᠠ ᠲᠠᠧᠠᠷ ᠰᠤᠩᠭᠤᠨ ᠠᠪᠴᠤ ᠪᠣᠯᠣᠨ᠎ᠠ᠂ ᠣᠬᠢ ᠰᠠᠢᠢᠨ ᠰᠤᠷᠭᠠᠨ ᠬᠦᠮᠦᠵᠢᠯ ᠬᠦᠷᠳᠡᠵᠦ ᠪᠣᠯᠣᠨ᠎ᠠ᠂ ᠳᠡᠯᠡᠬᠡᠢ ᠶᠢᠨ ᠣᠯᠠᠨ ᠤᠯᠤᠰ ᠤᠨ ᠬᠠᠮᠤᠭ ᠤᠨ ᠰᠢᠯᠢᠳᠡᠭ ᠲᠣᠭᠯᠠᠯᠲᠠ ᠶᠢ ᠰᠣᠨᠢᠷᠬᠠᠵᠤ ᠪᠣᠯᠣᠨ᠎ᠠ᠃     ᠲᠣᠣᠷ ᠰᠦᠯᠵᠢᠶ᠎ᠡ ᠶᠢᠨ ᠠᠵᠤ ᠠᠬᠤᠢ ᠳᠤ ᠦᠵᠡᠭᠦᠯᠬᠦ ᠨᠥᠯᠥᠭᠡ ᠨᠢ ᠮᠠᠰᠢ ᠶᠡᠬᠡ ᠶᠣᠮ᠃ ᠰᠤᠷᠠᠭ ᠵᠠᠩᠬᠢ ᠶᠢᠨ ᠲᠣᠣᠷ ᠰᠦᠯᠵᠢᠶ᠎ᠡ ᠪᠡᠷ ᠳᠠᠮᠵᠢᠵᠤ᠂ ᠤᠯᠤᠰ ᠣᠷᠣᠨ ᠪᠣᠯᠣᠨ ᠳᠡᠯᠡᠬᠡᠢ ᠶᠢᠨ ᠠᠵᠤ ᠠᠬᠤᠢ ᠶᠢᠨ ᠬᠣᠭᠤᠷᠥᠨᠳᠤ ᠬᠠᠷᠢᠯᠴᠠᠨ ᠲᠦᠰᠢᠭ᠍ᠯᠡᠯᠴᠡᠵᠦ᠂ ᠬᠠᠷᠢᠯᠴᠠᠨ ᠠᠬᠢᠭᠤᠯᠵᠤ᠂ ᠬᠠᠷᠢᠯᠴᠠᠨ ᠨᠦᠯᠦᠭᠡᠯᠡᠬᠦ ᠪᠣᠯᠣᠨ᠎ᠠ᠃ ᠪᠦᠷᠢᠳᠭᠡᠯ ᠢ ᠦᠨᠳᠦᠰᠦᠯᠡᠪᠡᠯ᠂ ᠣᠳᠣ ᠦᠶ᠎ᠡ ᠶᠢᠨ ᠠᠵᠤ ᠠᠬᠤᠢ ᠶᠢᠨ ᠬᠥᠭᠵᠢᠯᠲᠡ ᠪᠠ ᠨᠡᠮᠡᠭᠳᠡᠯ ᠤᠨ 40% ᠨᠢ ᠰᠤᠷᠠᠭ ᠵᠠᠩᠬᠢ ᠶᠢᠨ ᠠᠵᠤ ᠦᠢᠯᠡᠰ ᠤᠨ ᠦᠵᠡᠭᠦᠯᠦᠭᠰᠡᠨ ᠬᠣᠪᠢ ᠨᠡᠮᠡᠷᠢ ᠡᠴᠡ ᠢᠷᠡᠵᠦ ᠪᠠᠢᠢᠨ᠎ᠠ᠃ ᠢᠷᠡᠭᠡᠳᠦᠢ ᠶᠢᠨ 10 ᠵᠢᠯ ᠳᠦ ᠪᠦᠬᠦ ᠳᠡᠯᠡᠭᠡᠢ ᠶᠢᠨ ᠣᠯᠠᠨ ᠤᠯᠤᠰ ᠤᠨ ᠠᠷᠠᠯᠵᠢᠶ᠎ᠠ ᠶᠢᠨ ᠭᠤᠷᠪᠠᠨ ᠤ ᠨᠢᠭᠡ ᠨᠢ ᠲᠣᠣᠷ ᠰᠦᠯᠵᠢᠶ᠎ᠡ ᠶᠢᠨ ᠠᠷᠠᠯᠵᠢᠶ᠎ᠠ ᠶᠢᠨ ᠬᠡᠯᠪᠡᠷᠢ ᠪᠡᠷ ᠪᠡᠶᠡᠯᠡᠭᠳᠡᠬᠦ ᠪᠣᠯᠣᠨ᠎ᠠ᠃ ᠡᠢᠢᠮᠦ ᠡᠴᠡ ᠲᠣᠣᠷ ᠰᠦᠯᠵᠢᠶ᠎ᠡ ᠶᠢᠨ ᠠᠵᠤ ᠠᠬᠤᠢ ᠨᠢ ᠯᠠᠪᠲᠠᠢ 21 ᠳᠦᠭᠡᠷ ᠵᠠᠭᠤᠨ ᠤ ᠠᠵᠤ ᠠᠬᠤᠢ ᠶᠢᠨ ᠬᠥᠭᠵᠢᠯᠲᠡ ᠶᠢᠨ ᠭᠣᠣᠯ ᠤᠷᠤᠰᠭᠠᠯ ᠪᠣᠯᠣᠨ᠎ᠠ᠃     ᠬᠦᠮᠦᠨ ᠲᠦᠷᠥᠯᠬᠢᠲᠡᠨ ᠤ ᠨᠡᠢᠢᠭᠡᠮ ᠳᠦ ᠲᠣᠣᠷ ᠰᠦᠯᠵᠢᠶ᠎ᠡ ᠶᠢᠨ ᠦᠵᠡᠭᠦᠯᠬᠦ ᠨᠥᠯᠥᠭᠡ ᠪᠣᠯ ᠲᠤᠢᠢᠯ ᠤᠨ ᠥᠷᠭᠡᠨ ᠳᠡᠯᠭᠡᠷ ᠪᠦᠭᠡᠳ ᠠᠯᠤᠰ ᠬᠡᠳᠦ ᠶᠢᠨ ᠪᠠᠢᠳᠠᠭ ᠶᠣᠮ᠃ ᠳᠡᠭᠡᠷ᠎ᠡ ᠳᠤᠷᠠᠳᠤᠭᠰᠠᠨ ᠠᠵᠤ ᠠᠬᠤᠢ ᠳᠤ ᠦᠵᠡᠭᠦᠯᠬᠦ ᠨᠥᠯᠥᠭᠡ ᠡᠴᠡ ᠭᠠᠳᠠᠨ᠎ᠠ ᠴᠡᠷᠢᠭ᠌ ᠳᠠᠢᠢᠨ᠂ ᠭᠠᠳᠠᠭᠠᠳᠤ ᠶᠠᠪᠤᠳᠠᠯ᠂ ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠦᠮᠦᠵᠢᠯ᠂ ᠠᠮᠢ ᠠᠬᠤᠢ ᠶᠢᠨ ᠣᠷᠴᠢᠨ ᠲᠣᠭᠤᠷᠢᠨ᠁ ᠵᠡᠷᠭᠡ ᠳᠦ ᠴᠥᠮ ᠶᠠᠨᠳᠠᠰᠢ ᠦᠬᠡᠢ ᠶᠡᠬᠡ ᠨᠥᠯᠥᠭᠡ ᠦᠵᠡᠭᠦᠯᠬᠦ ᠪᠣᠯᠤᠨ᠎ᠠ᠃ ᠶᠢᠰᠦᠨ ᠵᠢᠯ ᠤᠨ ᠠᠯᠪᠠᠨ ᠵᠢᠷᠦᠮ ᠤᠨ ᠪᠦᠬᠦᠯᠢ ᠡᠳᠦᠷ ᠤᠨ ᠳᠦᠷᠢᠮᠲᠦ ᠪᠠᠭ᠎ᠠ ᠰᠤᠷᠭᠠᠭᠤᠯᠢ ᠳᠤ ᠦᠵᠡᠬᠦ ᠬᠡᠯᠡ ᠪᠢᠴᠢᠭ᠌ ( 8 ) ᠡᠴᠡ ᠰᠤᠩᠭᠤᠪᠠ

     如果你的计算机不能正常表示上边的蒙古文字体样文的话,请下载字体安装到你的系统中。如果你用苹果公司的Mac OS X 请用AAT类型字体, 如果你是使用Windows 请用OpenType类型的字体。Windows XP及以前的Windows操作系统不支持OpenType,因此不能正确显示蒙古文。如果你使用Linux或Unix类系统,必须安装支持OpenType的模块。



【本文地址】


今日新闻


推荐新闻


CopyRight 2018-2019 办公设备维修网 版权所有 豫ICP备15022753号-3